蒙古文網站Logo
ᠰᠢᠨᠬᠤᠸᠠ ᠮᠤᠩᠭ᠋ᠤᠯ ᠨᠧᠲ

ᠤᠯᠠᠭᠠᠨᠮᠦ᠋ᠴᠢᠷ ᠤᠨ ᠨᠠᠭᠠᠳᠤᠮ ᠤᠨ ᠦᠶ᠎ᠡ ᠪᠡᠷ ᠬᠢ ᠲᠤᠷᠭᠠᠨ ᠭ᠍ᠱᠠᠨ

2019-08-22 12:13

    ᠨᠠᠶ᠋ᠮᠠᠳᠤᠭᠠᠷ ᠬᠤᠭᠤᠴᠠᠭᠠᠨ ᠤ ᠦᠪᠦᠷ ᠮᠤᠩ᠋ᠭᠤᠯ ᠤᠨ ᠦᠪᠡᠷᠲᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠤᠷᠠᠯᠢᠬ ᠤᠨ ᠨᠠᠭᠠᠳᠤᠮ 20 ᠤ ᠡᠳᠦᠷ ᠠᠯᠠᠱᠠ ᠠᠶᠢᠮᠠᠬ ᠤᠨ ᠠᠯᠠᠱᠠ ᠵᠡᠭᠦᠨ ᠬᠤᠰᠢᠭᠤᠨ ᠤ ᠦᠷᠡᠰ ᠤᠨ ᠲᠠᠯ᠎ᠠ ᠳᠤ ᠨᠡᠭᠡᠭᠡᠯᠲᠡ ᠪᠠᠨ ᠬᠢᠪᠡ᠃ ᠶᠢᠰᠦᠨ ᠡᠳᠦᠷ ᠦᠷᠭᠦᠯᠵᠢᠯᠡᠬᠦ ᠲᠤᠰ ᠨᠠᠭᠠᠳᠤᠮ ᠳᠤ ᠦᠪᠦᠷ ᠮᠤᠩ᠋ᠭᠤᠯ ᠤᠨ ᠡᠯ᠎ᠡ ᠭᠠᠵᠠᠷ ᠵᠢᠴᠢ ᠭᠠᠨᠰᠦ᠂ ᠬᠦᠬᠡᠨᠠᠭᠤᠷ᠂ ᠰᠢᠨᠵᠢᠶᠠᠩ᠂ ᠯᠢᠶᠤᠤᠨᠢᠩ᠂ ᠭᠢᠷᠢᠨ᠂ ᠬᠠᠷᠠᠮᠦ᠋ᠷᠡᠨ ᠵᠡᠷᠭᠡ ᠮᠤᠵᠢ ᠤᠷᠤᠨ ᠤ 22 ᠰᠢᠯᠢᠳᠡᠭ ᠤᠯᠠᠭᠠᠨᠮᠦ᠋ᠴᠢᠷ ᠤᠨ ᠮᠢᠩ᠋ᠭ᠎ᠠ ᠰᠢᠬᠠᠮ ᠲᠤᠬᠯᠠᠬᠴᠢᠳ ᠬᠦᠷᠦᠯᠴᠡᠨ ᠢᠷᠡᠵᠦ᠂ ᠴᠠᠬᠳᠠᠭᠠᠨ ᠤ ᠭᠠᠵᠠᠷ᠂ ᠬᠢᠯᠢ ᠢᠢᠨ ᠬᠠᠷᠠᠭᠤᠯ ᠂ ᠬᠢᠯᠢ ᠶᠢᠨ ᠪᠤᠭᠤᠮᠳᠠ᠂ ᠬᠦᠷᠢᠶᠡᠯᠡᠩ᠂ ᠬᠦᠳᠡᠭᠡ ᠲᠤᠰᠬᠤᠨ ᠮᠠᠯᠵᠢᠬᠤ ᠤᠷᠤᠨ ᠳᠤ ᠬᠦᠷᠴᠦ ᠲᠤᠬᠯᠠᠨ᠂ ᠤᠯᠠᠭᠠᠨᠮᠦ᠋ᠴᠢᠷ ᠤᠨ ᠰᠢᠯᠢᠳᠡᠭ ᠪᠦᠲᠦᠭᠡᠯ ᠢᠶᠡᠨ ᠦᠵᠡᠭᠦᠯᠵᠦ᠂ ᠠᠯᠠᠱᠠ ᠨᠤᠲᠤᠬ ᠤᠨ ᠤᠯᠠᠨ ᠲᠦᠮᠡᠨ ᠳᠤ ᠦᠨᠳᠦᠰᠦᠲᠡᠨ ᠤ ᠰᠤᠶᠤᠯ ᠤᠨ ᠦᠷ᠎ᠡ ᠪᠦᠲᠦᠭᠡᠯ ᠢ ᠰᠤᠨᠢᠷᠬᠠᠭᠤᠯᠤᠬᠰᠠᠨ ᠪᠠᠶᠢᠨ᠎ᠠ᠃ (ᠭᠡᠷᠡᠯ ᠵᠢᠷᠤᠬ ᠢ ᠸᠠᠩ ᠵᠸᠩ)

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ
ᠲᠦᠭᠡᠭᠡᠬᠦ :

ᠰᠣᠶᠤᠯ ᠤᠷᠠᠯᠢᠭ

  • ᠤᠯᠠᠭᠠᠨᠮᠦ᠋ᠴᠢᠷ ᠤᠨ ᠨᠠᠭᠠᠳᠤᠮ ᠤᠨ ᠦᠶ᠎ᠡ ᠪᠡᠷ ᠬᠢ ᠲᠤᠷᠭᠠᠨ ᠭ᠍ᠱᠠᠨ
  • 《ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤ᠋ᠨ ᠦᠨᠳᠤᠰᠦᠳᠡᠨ ᠤ ᠤᠨᠴᠠᠯᠢᠭ
  • ᠠᠷᠪᠠᠨ ᠵᠢᠷᠭᠤᠳᠤᠭᠠᠷ ᠬᠤᠭᠤᠴᠠᠭᠠᠨ ᠤ ᠸᠸᠨ ᠬᠤᠸᠠ ᠱᠠᠩᠨᠠᠯ ᠤᠨ ᠡᠵᠡᠳ ᠲᠤᠳᠤᠷᠠᠯ᠎ᠠ
  • ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》
關閉
010070230030000000000000011120701124907240