蒙古文網站Logo
ᠰᠢᠨᠬᠤᠸᠠ ᠮᠤᠩᠭ᠋ᠤᠯ ᠨᠧᠲ

ᠪᠤᠬᠢᠷᠳᠤᠯ ᠦᠭᠡᠢ ᠦᠪᠦᠷ ᠮᠤᠩᠭ᠋ᠤᠯ ᠤᠨ ᠦᠯᠢᠬᠡᠷ ᠢ ᠰᠤᠨᠤᠰᠴᠠᠭᠠᠶ᠎ᠠ

2019-09-23 16:41

    ᠰᠢᠨᠬᠤᠸᠠ ᠮᠤᠩᠭ᠋ᠤᠯ ᠨᠧᠲ ᠬᠦᠬᠡᠬᠤᠳᠠ ᠶᠢᠨ 9 ᠰᠠᠷ᠎ᠠ ᠶᠢᠨ 23 ᠤ ᠡᠳᠤᠷ ᠤᠨ ᠴᠠᠬᠢᠯᠭᠠᠨ ᠮᠡᠳᠡᠬᠡ (ᠪᠠᠢ ᠯᠢᠩ ᠳ᠋ᠢ) 22 ᠤᠨ ᠦᠳᠡ ᠡᠴᠡ ᠡᠮᠦᠨ᠎ᠡ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠦᠪᠡᠷᠳᠡᠬᠡᠨ ᠵᠠᠰᠠᠬᠤ ᠤᠷᠤᠨ ᠤ ᠤᠢ ᠰᠢᠭᠤᠢ ᠪᠤᠯᠤᠨ ᠲᠠᠯ᠎ᠠ ᠨᠤᠳᠤᠭ ᠤᠨ ᠲᠤᠪᠴᠢᠶ᠎ᠠ ᠬᠠᠮᠳᠤᠷᠠᠨ ᠵᠤᠬᠢᠶᠠᠨ ᠪᠠᠶᠢᠭᠤᠯᠤᠭᠰᠠᠨ 《ᠤᠭ ᠵᠤᠷᠢᠯᠲᠠ ᠪᠠᠨ ᠦᠯᠦ ᠮᠠᠷᠳᠠᠵᠤ  ᠡᠬᠦᠷᠬᠡ ᠬᠠᠷᠢᠭᠤᠴᠠᠯᠭ᠎ᠠ ᠪᠡᠨ ᠡᠬᠦᠷᠬᠡᠯᠡᠵᠤ  ᠪᠤᠷᠬᠢᠳᠤᠯ ᠦᠭᠡᠢ ᠦᠪᠦᠷ ᠮᠤᠩᠭ᠋ᠤᠯ ᠤᠨ ᠦᠯᠢᠬᠡᠷ ᠢ ᠶᠠᠷᠢᠬᠤ》 ᠶᠠᠷᠢᠶ᠎ᠠ ᠢᠯᠡᠳᠬᠡᠯ ᠤᠨ ᠰᠢᠶ᠋ᠳᠪᠦᠷᠢᠳᠤ ᠲᠡᠮᠡᠴᠡᠬᠡᠨ ᠬᠦᠬᠡᠬᠤᠳᠠ ᠳᠤ ᠵᠤᠬᠢᠶᠠᠨ ᠪᠠᠶᠢᠭᠤᠯᠤᠭᠳᠠᠪᠠ᠃ ᠲᠤᠰ ᠤᠳᠠᠭᠠᠨ ᠤ ᠲᠡᠮᠡᠴᠡᠬᠡᠨ ᠨᠢ ᠲᠠᠶᠢᠯᠪᠤᠷᠢᠯᠠᠬᠤ ᠠᠷᠭ᠎ᠠ ᠪᠡᠷ ᠨᠡᠶᠢᠬᠡᠮ ᠳᠤ ᠬᠠᠨᠳᠤᠨ ᠠᠮᠢ ᠠᠬᠤᠢ ᠶᠢᠨ ᠪᠤᠯᠪᠠᠰᠤᠨ ᠤ ᠤᠨᠤᠯ ᠢ ᠰᠤᠷᠳᠠᠯᠴᠢᠯᠠᠨ ᠤᠬᠠᠭᠤᠯᠵᠤ᠂ ᠤᠶᠢᠷ᠎ᠠ ᠶᠢᠨ ᠠᠷᠪᠠᠭᠠᠳ ᠵᠢᠯ ᠤᠨ ᠲᠤᠷᠰᠢᠬᠢ ᠪᠤᠬᠢᠷᠳᠤᠯ ᠦᠭᠡᠢ ᠦᠪᠦᠷ ᠮᠤᠩᠭ᠋ᠤᠯ ᠢ ᠪᠠᠶᠢᠭᠤᠯᠤᠭᠰᠠᠨ ᠠᠬᠢᠴᠠ ᠳ᠋ᠡᠬᠢ ᠰᠢᠨ᠎ᠡ ᠦᠷ᠎ᠡ ᠪᠦᠲᠦᠮᠵᠢ᠂ ᠰᠢᠨ᠎ᠡ ᠲᠦᠷᠢ ᠲᠦᠷᠬᠦ᠂ ᠰᠢᠨ᠎ᠡ ᠠᠷᠭ᠎ᠠ ᠬᠡᠮᠵᠢᠶ᠎ᠡ ᠶᠢ ᠠᠮᠢᠳᠤᠯᠢᠭ ᠢᠶᠡᠷ ᠶᠠᠷᠢᠵᠤ ᠢᠯᠡᠳᠭᠡᠭ᠍ᠰᠡᠨ ᠪᠠᠶᠢᠨ᠎ᠠ᠃

    ᠤᠶᠢᠯᠠᠭᠠᠭᠰᠠᠨ ᠢᠶᠡᠷ᠂ ᠲᠤᠰ ᠲᠡᠮᠡᠴᠡᠬᠡᠨ ᠳᠤ ᠦᠪᠦᠷ ᠮᠤᠩᠭ᠋ᠤᠯ ᠤᠨ 9 ᠠᠶᠢᠮᠠᠭ ᠬᠤᠳᠠ ᠶᠢᠨ 27 ᠪᠠᠶᠢᠭᠠᠯᠢ ᠶᠢᠨ ᠡᠬᠢ ᠪᠠᠶᠠᠯᠢᠭ᠂ ᠤᠢ ᠰᠢᠭᠤᠢ ᠶᠢᠨ ᠰᠢᠰᠲ᠋ᠧᠮ ᠤᠨ ᠪᠠᠶᠢᠭᠤᠯᠤᠯᠭ᠎ᠠ ᠨᠢᠬᠡᠴᠡ᠂ ᠬᠦᠬᠡᠬᠤᠳᠠ ᠶᠢᠨ 4 ᠲᠤᠭᠤᠷᠢᠭ 3 ᠰᠢᠶᠠᠨ 58 ᠶᠡᠬᠡ᠂ ᠲᠤᠮᠳᠠᠳᠤ᠂ ᠪᠠᠭ᠎ᠠ ᠰᠤᠷᠭᠠᠭᠤᠯᠢ ᠵᠢᠴᠢ ᠰᠠᠶᠢᠬᠠᠨ ᠲᠤᠭᠤᠷᠢᠭ ᠤᠨ ᠡᠯ᠎ᠡ ᠠᠵᠤ ᠠᠬᠤᠶᠢᠯᠠᠯ ᠤᠨ ᠨᠡᠶᠢᠳᠡ 324 ᠦᠷᠢᠰᠦᠯᠳᠤᠭ᠍ᠴᠢ ᠤᠷᠤᠯᠴᠠᠵᠤ᠂ ᠰᠢᠭᠰᠢᠬᠡ ᠲᠡᠮᠡᠴᠡᠭᠡᠨ ᠢᠶᠡᠷ ᠲᠠᠮᠵᠢᠨ 40 ᠨᠢ ᠰᠢᠶᠳᠪᠦᠷᠢᠳᠤ ᠲᠡᠮᠡᠴᠡᠬᠡᠨ ᠳᠤ ᠰᠢᠷᠦᠬᠦᠨ ᠦᠷᠢᠰᠦᠯᠳᠤᠵᠡᠢ᠃

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ
ᠲᠦᠭᠡᠭᠡᠬᠦ :

ᠰᠣᠶᠤᠯ ᠤᠷᠠᠯᠢᠭ

  • ᠤᠯᠠᠭᠠᠨᠮᠦ᠋ᠴᠢᠷ ᠤᠨ ᠨᠠᠭᠠᠳᠤᠮ ᠤᠨ ᠦᠶ᠎ᠡ ᠪᠡᠷ ᠬᠢ ᠲᠤᠷᠭᠠᠨ ᠭ᠍ᠱᠠᠨ
  • 《ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤ᠋ᠨ ᠦᠨᠳᠤᠰᠦᠳᠡᠨ ᠤ ᠤᠨᠴᠠᠯᠢᠭ
  • ᠠᠷᠪᠠᠨ ᠵᠢᠷᠭᠤᠳᠤᠭᠠᠷ ᠬᠤᠭᠤᠴᠠᠭᠠᠨ ᠤ ᠸᠸᠨ ᠬᠤᠸᠠ ᠱᠠᠩᠨᠠᠯ ᠤᠨ ᠡᠵᠡᠳ ᠲᠤᠳᠤᠷᠠᠯ᠎ᠠ
  • ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》
關閉
010070230030000000000000011120701125028933