蒙古文網站Logo
ᠰᠢᠨᠬᠤᠸᠠ ᠮᠤᠩᠭ᠋ᠤᠯ ᠨᠧᠲ

ᠤᠷᠳᠤᠰ ᠬᠤᠲᠠ ᠶᠢᠨ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦ ᠵᠢᠶᠠᠨ ᠷᠦᠩ ᠬᠠᠤᠯᠢ ᠰᠠᠬᠢᠯᠭ᠎ᠠ ᠵᠢ ᠬᠦᠨᠳᠦ ᠨᠤᠴᠢᠲᠠᠢ ᠵᠦᠷᠢᠴᠡᠵᠦ ᠨᠠᠮ ᠪᠠ ᠠᠵᠢᠯ ᠡᠴᠡ ᠪᠠᠨ ᠬᠦᠭᠡᠭᠡᠭᠳᠡᠪᠡ

2019-09-23 16:43

    ᠲᠦᠷᠦᠭᠦᠬᠡᠨ ᠦᠪᠦᠷ ᠮᠤᠩᠭᠤᠯ ᠤᠨ ᠦᠪᠡᠷᠲᠡᠭᠡᠡ ᠵᠠᠰᠠᠬᠤ ᠤᠷᠤᠨ ᠤ ᠨᠠᠮ ᠤᠨ ᠬᠤᠷᠶᠶᠠᠨ ᠤ ᠵᠦᠪᠰᠢᠶᠡᠷᠡᠯ ᠢᠶᠡᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠷᠳᠤᠰ ᠬᠤᠲᠠ ᠶᠢᠨ ᠨᠠᠮ ᠤᠨ ᠬᠤᠷᠢᠶᠠᠨ ᠤ ᠤᠤᠯ ᠤᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦ ᠵᠢᠶᠠᠨ ᠷᠦᠩ ᠤᠨ ᠬᠠᠤᠯᠢ ᠰᠠᠬᠢᠯᠭ᠎ᠠ ᠵᠢ ᠬᠦᠨᠳᠦ ᠨᠤᠴᠢᠲᠠᠢ ᠵᠦᠷᠢᠴᠡᠭᠰᠡᠨ ᠠᠰᠠᠭᠤᠳᠠᠯ ᠢ ᠬᠡᠷᠡᠭ ᠪᠤᠯᠭᠠᠨ ᠳᠠᠩᠰᠠᠯᠠᠵᠤ ᠪᠠᠶᠢᠴᠠᠭᠠᠵᠠᠢ᠃

    ᠪᠠᠶᠢᠴᠠᠭᠠᠬᠰᠠᠨ ᠢᠶᠡᠷ᠂ ᠰᠦ ᠵᠢᠶᠠᠨ ᠷᠦᠩ ᠨᠠᠮ ᠤᠨ ᠭᠡᠰᠢᠭᠦᠨ ᠤᠳᠤᠷᠢᠳᠬᠤ ᠺᠠᠳ᠋ᠷ ᠪᠠᠶᠢᠳᠠᠯ᠎ᠠ ᠪᠠᠨ ᠢᠳᠡᠭᠡᠯ ᠬᠦᠰᠡᠯ ᠢᠶᠡᠨ ᠠᠯᠳᠠᠵᠦ᠂ ᠨᠠᠮ ᠤᠨ ᠵᠤᠷᠢᠯᠲᠠ ᠡᠴᠡ ᠲᠡᠷᠰᠡᠯᠡᠵᠦ᠂ ᠵᠤᠬᠢᠶᠠᠨ ᠪᠠᠶᠢᠭᠤᠯᠤᠯᠲᠠ ᠶᠢᠨ ᠪᠠᠶᠢᠴᠠᠭᠠᠯᠲᠠ ᠵᠢ ᠡᠰᠡᠷᠭᠦᠴᠡᠵᠡᠢ︔ ᠲᠤᠬᠲᠠᠭᠠᠯ ᠶᠤᠰᠤᠭᠠᠷ ᠬᠤᠪᠢ ᠬᠦᠮᠦᠨ ᠤ ᠬᠤᠯᠪᠤᠬᠳᠠᠬᠤ ᠶᠠᠪᠤᠳᠠᠯ ᠢᠶᠡᠨ ᠮᠡᠳᠡᠭᠦᠯᠦᠭᠰᠡᠨ ᠦᠭᠡᠢ︔ ᠠᠷᠢᠭᠤᠨ ᠴᠢᠭ᠍ᠴᠢ ᠪᠤᠰᠤ᠂ ᠳᠦᠷᠢᠮ ᠢ ᠵᠦᠷᠢᠴᠡᠨ ᠠᠰᠢᠬ ᠬᠠᠶᠢᠬᠤ ᠠᠵᠢᠯ ᠬᠢᠵᠦ᠂ ᠬᠤᠳᠠᠯᠳᠤᠭ᠎ᠠ ᠡᠵᠡᠩᠨᠡᠨ ᠠᠵᠦ ᠠᠬᠤᠶᠢᠯᠠᠯ ᠡᠷᠬᠢᠯᠡᠵᠡᠢ᠂ ᠵᠠᠬᠢᠷᠤᠬᠳᠠᠬᠴᠢ ᠡᠴᠡ ᠪᠠᠨ ᠮᠦᠩᠬᠦ ᠠᠪᠴᠤ ᠪᠡᠯᠡᠭ ᠬᠤᠷᠢᠶᠠᠨ᠂ ᠲᠦᠪ ᠴᠢᠭ᠍ᠴᠢ ᠵᠢ ᠨᠦᠯᠦᠭᠡᠯᠡᠵᠦ ᠠᠯᠪᠠᠨ ᠠᠵᠢᠯ ᠢ ᠬᠠᠷᠰᠢᠯᠠᠬᠤ ᠪᠡᠯᠡᠭ ᠰᠠᠯᠲᠠ ᠬᠤᠷᠢᠶᠠᠵᠠᠢ︔ ᠬᠠᠤᠯᠢ ᠶᠢᠨ ᠤᠬᠠᠮᠰᠠᠷ ᠳᠤᠷᠤᠢ᠂ ᠦᠪᠡᠷ ᠲᠡᠭᠡᠨ ᠮᠦᠩᠭᠦᠨ ᠤ ᠰᠠᠩ ᠪᠠᠶᠢᠭᠤᠯᠪᠠ︔ ᠮᠦᠷᠦᠢ ᠲᠠᠢ ᠲᠤᠬᠯᠠᠭᠠᠮ ᠳᠤ ᠰᠢᠨᠤᠵᠦ᠂ ᠬᠡᠭᠡᠯᠢ ᠬᠠᠬᠤᠤᠯᠢ ᠢᠳᠡᠨ ᠦᠷᠢ ᠪᠠᠨ ᠲᠦᠯᠦᠵᠡᠢ︔ ᠲᠤᠰᠢᠶᠠᠯ ᠢᠶᠡᠨ ᠠᠰᠢᠬᠯᠠᠨ ᠪᠤᠰᠤᠳ ᠤᠨ ᠠᠵᠢᠯ ᠲᠤᠬᠢᠷᠠᠭᠤᠯᠬᠤ᠂ ᠲᠤᠰᠢᠶᠠᠯ ᠳᠡᠪᠰᠢᠬᠤ᠂ ᠠᠵᠦ ᠠᠬᠤᠶᠢᠯᠠᠯ ᠤᠨ ᠡᠵᠡᠩᠨᠡᠯᠲᠡ ᠬᠢᠬᠦ ᠵᠡᠷᠭᠡ ᠳᠤ ᠠᠰᠢᠬ ᠬᠦᠷᠲᠡᠭᠡᠵᠤ ᠡᠳ᠋ ᠮᠦᠩᠭᠦ ᠬᠤᠷᠢᠶᠠᠵᠠᠢ ︔ ᠲᠤᠰᠢᠶᠠᠯ ᠢᠶᠡᠨ ᠠᠰᠢᠬᠯᠠᠨ ᠤᠯᠠᠨ ᠨᠡᠶᠢᠲᠡ ᠶᠢᠨ ᠡᠳ᠋ ᠬᠦᠷᠦᠩᠭᠡ ᠵᠢ ᠬᠤᠪᠢᠨ ᠳᠠᠭᠠᠨ ᠦᠮᠴᠢᠯᠡᠵᠡᠢ᠃

    ᠰᠦ ᠵᠢᠶᠠᠨ ᠷᠦᠩ ᠤᠯᠤᠰ ᠲᠦᠷᠦ ᠶᠢᠨ ᠰᠠᠬᠢᠯᠭ᠎ᠠ᠂ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ ᠂ ᠠᠷᠢᠭᠤᠨ ᠴᠢᠭ᠍ᠴᠢ ᠶᠢᠨ ᠰᠠᠬᠢᠯᠭ᠎ᠠ᠂ ᠠᠵᠢᠯ ᠤᠨ ᠰᠠᠬᠢᠯᠭ᠎ᠠ ᠪᠤᠯᠤᠨ ᠠᠮᠢᠳᠤᠷᠠᠯ ᠤᠨ ᠰᠠᠬᠢᠯᠭ᠎ᠠ ᠵᠢ ᠬᠦᠨᠳᠦ ᠨᠤᠴᠢᠲᠠᠢ ᠵᠦᠷᠢᠴᠡᠵᠦ᠂ ᠲᠤᠰᠢᠶᠠᠯ ᠢᠶᠡᠨ ᠠᠰᠢᠬᠯᠠᠨ ᠳᠦᠷᠢᠮ ᠢ ᠵᠦᠷᠢᠴᠡᠭᠰᠡᠨ ᠪᠤᠯᠤᠨ ᠲᠤᠰᠢᠶᠠᠯ ᠢᠶᠡᠨ ᠠᠰᠢᠬᠯᠠᠬᠰᠠᠨ ᠶᠠᠯ᠎ᠠ ᠶᠢᠨ ᠰᠡᠵᠢᠭᠲᠡᠢ ᠡᠴᠡ ᠰᠢᠨᠵᠢ ᠴᠢᠨᠠᠷ ᠬᠦᠨᠳᠦ ᠨᠤᠴᠢᠲᠠᠢ᠂ ᠮᠠᠭᠤ ᠮᠠᠭᠤᠬᠠᠢ ᠨᠦᠯᠦᠭᠡ ᠲᠤᠰᠬᠠᠯ ᠲᠠᠢ ᠤᠴᠢᠷ ᠴᠢᠩ᠋ᠭ᠎ᠠ ᠰᠢᠳᠬᠡᠪᠡᠯ ᠵᠤᠬᠢᠨ᠎ᠠ᠃ 《ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠦᠭᠬᠦ ᠵᠤᠷᠪᠤᠰ》《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ》 ᠵᠡᠷᠭᠡ ᠶᠢᠨ ᠬᠤᠯᠪᠤᠬᠳᠠᠬᠤ ᠲᠤᠬᠲᠠᠭᠠᠯ ᠢ ᠦᠨᠳᠦᠰᠦᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠠᠯ᠂ ᠬᠢᠨᠠᠨ ᠪᠠᠶᠢᠴᠠᠭᠠᠬᠤ ᠵᠦᠪᠯᠡᠯ ᠤᠨ ᠭᠡᠰᠢᠭᠦᠳ ᠤᠨ ᠬᠤᠷᠠᠯ ᠢᠶᠡᠷ ᠬᠢᠨᠠᠨ ᠪᠠᠲᠤᠯᠠᠬᠤ ᠶᠢᠨ ᠬᠠᠮᠲᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠳᠤ ᠮᠡᠳᠡᠭᠦᠯᠦᠨ ᠵᠦᠪᠰᠢᠶᠡᠷᠡᠭᠦᠯᠵᠦ᠂ ᠰᠦ ᠵᠢᠶᠠᠨ ᠷᠦᠩ ᠢ ᠨᠠᠮ ᠡᠴᠡ ᠬᠦᠭᠡᠭᠡᠬᠦ ᠪᠡᠷ ᠲᠤᠬᠲᠠᠵᠠᠢ︔ ᠲᠤᠬᠲᠠᠭᠠᠯ ᠶᠤᠰᠤᠭᠠᠷ ᠲᠡᠭᠦᠨ ᠤ ᠬᠦᠷᠲᠡᠵᠦ ᠪᠦᠬᠦᠢ ᠬᠠᠷᠭᠠᠯᠵᠠᠯᠠᠯ ᠢ ᠦᠭᠡᠶᠢᠰᠭᠡᠪᠡ︔ ᠬᠠᠤᠯᠢ ᠰᠠᠬᠢᠯᠭ᠎ᠠ ᠵᠢ ᠵᠦᠷᠢᠴᠡᠨ ᠤᠯᠤᠬᠰᠠᠨ ᠪᠦᠬᠦᠨ ᠢ ᠬᠤᠷᠢᠶᠠᠨ ᠠᠪᠤᠨ᠎ᠠ︔ ᠶᠠᠯ᠎ᠠ ᠬᠢᠭᠰᠡᠨ ᠢᠶᠡᠷ ᠰᠡᠵᠢᠭᠯᠡᠭᠳᠡᠭᠰᠡᠨ ᠠᠰᠠᠭᠤᠳᠠᠯ ᠢ ᠬᠤᠯᠪᠤᠬᠳᠠᠬᠤ ᠡᠳ᠋ ᠪᠤᠳᠠᠰ ᠤᠨ ᠬᠠᠮᠲᠤ ᠪᠠᠶᠢᠴᠠᠭᠠᠬᠤ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠦ᠂ ᠪᠠᠶᠢᠴᠠᠭᠠᠨ ᠵᠠᠭᠠᠯᠳᠤᠭᠤᠯᠤᠨ᠎ᠠ᠃

ᠢᠷᠡᠯᠳᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ
ᠲᠦᠭᠡᠭᠡᠬᠦ :

ᠨᠡᠶᠢᠬᠡᠮ ᠠᠬᠤᠢ

ᠰᠣᠶᠤᠯ ᠤᠷᠠᠯᠢᠭ

  • ᠤᠯᠠᠭᠠᠨᠮᠦ᠋ᠴᠢᠷ ᠤᠨ ᠨᠠᠭᠠᠳᠤᠮ ᠤᠨ ᠦᠶ᠎ᠡ ᠪᠡᠷ ᠬᠢ ᠲᠤᠷᠭᠠᠨ ᠭ᠍ᠱᠠᠨ
  • 《ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤ᠋ᠨ ᠦᠨᠳᠤᠰᠦᠳᠡᠨ ᠤ ᠤᠨᠴᠠᠯᠢᠭ
  • ᠠᠷᠪᠠᠨ ᠵᠢᠷᠭᠤᠳᠤᠭᠠᠷ ᠬᠤᠭᠤᠴᠠᠭᠠᠨ ᠤ ᠸᠸᠨ ᠬᠤᠸᠠ ᠱᠠᠩᠨᠠᠯ ᠤᠨ ᠡᠵᠡᠳ ᠲᠤᠳᠤᠷᠠᠯ᠎ᠠ
  • ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》
關閉
010070230030000000000000011120701125029195