蒙古文網站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠳᠤᠮᠳᠠ ᠵᠡᠷᠭᠡ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠤᠤᠯ ᠤᠨ ᠬᠤᠷᠢᠶᠠᠨ ᠳᠠᠷᠤᠭ᠎ᠠ ᠳ᠋ᠦᠩ ᠪᠢᠩ ᠾᠦᠢ ᠬᠠᠤᠯᠢ ᠰᠠᠬᠢᠯᠭ᠎ᠠ ᠵᠢ ᠬᠦᠨᠳᠦ ᠨᠤᠴᠢᠲᠠᠢ ᠵᠦᠷᠢᠴᠡᠨ ᠨᠠᠮ ᠪᠠ ᠠᠵᠢᠯ ᠡᠴᠡ ᠪᠠᠨ ᠬᠦᠭᠡᠭᠡᠭᠳᠡᠵᠡᠢ

2019-09-23 16:43

    ᠲᠦᠷᠦᠭᠦᠬᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠦᠪᠰᠢᠶᠡᠷᠡᠯ ᠢᠶᠡᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠶᠢ᠎ᠠ ᠬᠢᠨᠠᠨ ᠪᠠᠶᠢᠴᠠᠭᠠᠬᠤ ᠵᠦᠪᠯᠡᠯ ᠡᠴᠡ ᠬᠦᠬᠡᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠬᠦᠭᠦ ᠬᠤᠷᠢᠶᠠᠨ ᠤ ᠤᠤᠯ ᠤᠨ ᠨᠠᠮ ᠤᠨ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠳ᠋ᠦᠩ ᠪᠢᠩ ᠾᠦᠢ ᠶᠢᠨ ᠬᠠᠤᠯᠢ ᠰᠠᠬᠢᠯᠭ᠎ᠠ ᠵᠢ ᠬᠦᠨᠳᠦ ᠨᠤᠴᠢᠲᠠᠢ ᠵᠦᠷᠢᠴᠡᠭᠰᠡᠨ ᠠᠰᠠᠭᠤᠳᠠᠯ ᠢ ᠬᠡᠷᠡᠭ ᠪᠤᠯᠭᠠᠨ ᠳᠠᠩᠰᠠᠯᠠᠵᠦ ᠪᠠᠶᠢᠴᠠᠭᠠᠵᠠᠢ᠃

    ᠪᠠᠶᠢᠴᠠᠭᠠᠯᠲᠠ ᠪᠡᠷ᠂ ᠳ᠋ᠦᠩ ᠪᠢᠩ ᠾᠦᠢ ᠢᠲᠡᠭᠡᠯ ᠪᠢᠰᠢᠷᠡᠯ ᠢᠶᠡᠨ ᠠᠯᠳᠠᠵᠦ᠂ ᠨᠠᠮ ᠤᠨ ᠵᠤᠷᠢᠯᠲᠠ ᠡᠴᠡ ᠲᠡᠷᠰᠡᠯᠡᠵᠦ᠂ ᠬᠠᠤᠯᠢ ᠮᠡᠳᠡᠵᠦ ᠪᠠᠶᠢᠭᠠᠳ ᠬᠠᠤᠯᠢ ᠵᠢ ᠵᠦᠷᠢᠴᠡᠨ᠂ ᠬᠠᠤᠯᠢ ᠴᠠᠭᠠᠵᠠ ᠶᠢᠨ ᠢᠲᠡᠭᠡᠯ ᠬᠦᠴᠦᠨ ᠢ ᠨᠤᠴᠢᠲᠠᠢ ᠬᠤᠬᠢᠷᠠᠭᠤᠯᠵᠦ᠂ ᠵᠤᠬᠢᠶᠠᠨ ᠪᠠᠶᠢᠭᠤᠯᠤᠯᠲᠠ ᠶᠢᠨ ᠪᠠᠶᠢᠴᠠᠭᠠᠯᠲᠠ ᠵᠢ ᠡᠰᠡᠷᠭᠦᠴᠡᠵᠡᠢ᠃ ᠳᠦᠷᠢᠮ ᠡᠴᠡ ᠵᠦᠷᠢᠴᠡᠨ ᠬᠦᠦ ᠶᠢᠨ ᠢᠶᠡᠨ ᠬᠤᠷᠢᠮ ᠢ ᠬᠢᠪᠡ︔ ᠵᠤᠬᠢᠶᠠᠨ ᠪᠠᠶᠢᠭᠤᠯᠤᠯᠲᠠ ᠶᠢᠨ ᠵᠠᠷᠴᠢᠮ ᠢ ᠵᠦᠷᠢᠴᠡᠨ ᠵᠢᠯᠤᠭᠤᠴᠢ ᠳᠠᠭᠠᠨ ᠠᠵᠢᠯ ᠲᠤᠬᠢᠷᠠᠭᠤᠯᠤᠨ ᠦᠭᠴᠦ᠂ ᠺᠠᠳ᠋ᠷ ᠢ ᠰᠢᠯᠢᠨ ᠳᠡᠪᠰᠢᠭᠦᠯᠬᠦ ᠳᠤᠮᠳᠠ ᠪᠤᠰᠤᠳ ᠤᠨ ᠡᠳ᠋ ᠮᠦᠩᠭᠦ ᠵᠢ ᠬᠤᠷᠢᠶᠠᠵᠠᠢ︔ ᠠᠯᠪᠠᠨ ᠠᠵᠢᠯ ᠢ ᠬᠠᠷᠰᠢᠯᠠᠵᠦ ᠮᠡᠳᠡᠬᠦ ᠪᠡᠯᠡᠭ ᠰᠠᠯᠲᠠ᠂ ᠮᠦᠩᠭᠦ ᠵᠤᠭᠤᠰ ᠢ ᠬᠤᠷᠢᠶᠠᠵᠦ᠂ ᠤᠳᠤᠷᠢᠳᠤᠯᠭ᠎ᠠ ᠬᠢᠭᠡᠳ ᠭᠡᠷ ᠤᠨ ᠬᠢᠨ ᠳᠤᠨᠢ ᠤᠯᠠᠨ ᠤᠳᠠᠭ᠎ᠠ ᠮᠦᠩᠬᠦ ᠵᠤᠭᠤᠰ ᠬᠦᠷᠭᠡᠨ᠂ ᠳᠦᠷᠢᠮ ᠡᠴᠡ ᠵᠦᠷᠢᠴᠡᠨ ᠡᠵᠡᠩᠨᠡᠯᠲᠡ ᠶᠢᠨ ᠰᠢᠨᠵᠢᠲᠡᠢ ᠠᠵᠢᠯᠯᠠᠭ᠎ᠠ ᠦᠷᠨᠢᠭᠦᠯᠵᠡᠢ᠃ ᠰᠢᠨᠤᠯ ᠬᠡᠳᠦᠷᠡᠵᠦ᠂ ᠤᠯᠠᠨ ᠨᠠᠶᠢᠲᠡ ᠶᠢᠨ ᠡᠳ᠋ ᠬᠦᠷᠦᠩᠭᠡ ᠵᠢ ᠬᠤᠪᠢᠨ ᠳᠠᠭᠠᠨ ᠦᠮᠴᠢᠯᠡᠵᠡᠢ︔ ᠬᠠᠤᠯᠢ ᠴᠠᠭᠠᠵᠠ ᠶᠢᠨ ᠡᠷᠬᠡ ᠪᠠᠨ ᠠᠷᠠᠯᠵᠢᠶᠠᠯᠠᠵᠦ᠂ ᠪᠤᠰᠤᠳ ᠲᠤ ᠠᠰᠢᠬ ᠬᠦᠷᠲᠡᠭᠡᠨ ᠡᠳ᠋ ᠮᠦᠩᠭᠦ ᠬᠤᠷᠢᠶᠠᠵᠠᠢ᠃

    ᠳ᠋ᠦᠩ ᠪᠢᠩ ᠾᠦᠢ ᠨᠠᠮ ᠤᠨ ᠤᠯᠤᠰ ᠲᠦᠷᠦ ᠶᠢᠨ ᠰᠠᠬᠢᠯᠭ᠎ᠠ᠂ ᠲᠦᠪ ᠤᠨ ᠨᠠᠶ᠋ᠮᠠᠨ ᠲᠤᠬᠲᠠᠭᠠᠯ ᠤᠨ ᠵᠤᠷᠢᠬ ᠰᠠᠨᠠᠭ᠎ᠠ᠂ ᠵᠤᠬᠢᠶᠠᠨ ᠪᠠᠶᠢᠭᠤᠯᠤᠯᠲᠠ ᠶᠢᠨ ᠰᠠᠬᠢᠯᠭ᠎ᠠ᠂ ᠠᠷᠢᠭᠤᠨ ᠴᠢᠭ᠍ᠴᠢ ᠶᠢᠨ ᠰᠠᠬᠢᠯᠭ᠎ᠠ ᠵᠢ ᠬᠦᠨᠳᠦ ᠨᠤᠴᠢᠲᠠᠢ ᠵᠦᠷᠢᠴᠡᠵᠦ᠂ ᠲᠤᠰᠢᠶᠠᠯ ᠢᠶᠡᠨ ᠠᠰᠢᠬᠯᠠᠨ ᠳᠦᠷᠢᠮ ᠡᠴᠡ ᠵᠦᠷᠢᠴᠡᠭᠰᠡᠨ ᠬᠢᠭᠡᠳ ᠱᠠᠮᠰᠢᠬᠰᠠᠨ᠂ ᠬᠡᠭᠡᠯᠢ ᠬᠠᠬᠤᠤᠯᠢ ᠢᠳᠡᠭᠰᠡᠨ ᠶᠠᠯ᠎ᠠ ᠪᠡᠷ ᠰᠡᠵᠢᠭᠯᠡᠭᠳᠡᠭᠰᠡᠨ ᠡᠴᠡ ᠴᠢᠩ᠋ᠭ᠎ᠠ ᠰᠢᠳᠬᠡᠪᠡᠯ ᠵᠤᠬᠢᠨ᠎ᠠ᠃ 《ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠦᠭᠬᠦ ᠵᠤᠷᠪᠤᠰ》《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ》 ᠵᠡᠷᠭᠡ ᠶᠢᠨ ᠬᠤᠯᠪᠤᠬᠳᠠᠬᠤ ᠲᠤᠬᠲᠠᠭᠠᠯ ᠢ ᠦᠨᠳᠦᠰᠦᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠠᠯ᠂ ᠬᠢᠨᠠᠨ ᠪᠠᠶᠢᠴᠠᠭᠠᠬᠤ ᠵᠦᠪᠯᠡᠯ ᠤᠨ ᠭᠡᠰᠢᠭᠦᠳ ᠤᠨ ᠬᠤᠷᠠᠯ ᠢᠶᠡᠷ ᠬᠢᠨᠠᠨ ᠪᠠᠲᠤᠯᠠᠬᠤ ᠶᠢᠨ ᠬᠠᠮᠲᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠳᠤ ᠮᠡᠳᠡᠭᠦᠯᠦᠨ ᠵᠦᠪᠰᠢᠶᠡᠷᠡᠭᠦᠯᠵᠦ᠂ ᠳ᠋ᠦᠩ ᠪᠢᠩ ᠾᠦᠢ ᠵᠢ ᠨᠠᠮ ᠡᠴᠡ ᠬᠦᠭᠡᠭᠡᠬᠦ ᠪᠡᠷ ᠲᠤᠬᠲᠠᠵᠠᠢ︔ ᠦᠪᠡᠷᠲᠡᠭᠡᠨ ᠵᠠᠰᠬᠠᠤ ᠤᠷᠤᠨ ᠤ ᠬᠢᠨᠠᠨ ᠪᠠᠶᠢᠴᠠᠭᠠᠬᠤ ᠵᠦᠪᠯᠡᠯ ᠡᠴᠡ ᠠᠵᠢᠯ ᠡᠴᠡ ᠨᠢ ᠬᠦᠭᠡᠭᠡᠬᠦ ᠰᠢᠳᠬᠡᠯ ᠦᠭᠪᠡ︔ ᠬᠠᠤᠯᠢ ᠰᠠᠬᠢᠯᠭ᠎ᠠ ᠵᠢ ᠵᠦᠷᠢᠴᠡᠨ ᠤᠯᠤᠬᠰᠠᠨ ᠪᠦᠬᠦᠨ ᠢ ᠬᠤᠷᠢᠶᠠᠨ ᠠᠪᠤᠨ᠎ᠠ︔ ᠶᠠᠯ᠎ᠠ ᠬᠢᠭᠰᠡᠨ ᠢᠶᠡᠷ ᠰᠡᠵᠢᠭᠯᠡᠭᠳᠡᠭᠰᠡᠨ ᠠᠰᠠᠭᠤᠳᠠᠯ ᠢ ᠬᠤᠯᠪᠤᠬᠳᠠᠬᠤ ᠡᠳ᠋ ᠪᠤᠳᠠᠰ ᠤᠨ ᠬᠠᠮᠲᠤ ᠪᠠᠶᠢᠴᠠᠭᠠᠬᠤ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠦ᠂ ᠪᠠᠶᠢᠴᠠᠭᠠᠨ ᠵᠠᠭᠠᠯᠳᠤᠭᠤᠯᠤᠨ᠎ᠠ᠃

ᠢᠷᠡᠯᠳᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ
ᠲᠦᠭᠡᠭᠡᠬᠦ :

ᠨᠡᠶᠢᠬᠡᠮ ᠠᠬᠤᠢ

ᠰᠣᠶᠤᠯ ᠤᠷᠠᠯᠢᠭ

  • ᠤᠯᠠᠭᠠᠨᠮᠦ᠋ᠴᠢᠷ ᠤᠨ ᠨᠠᠭᠠᠳᠤᠮ ᠤᠨ ᠦᠶ᠎ᠡ ᠪᠡᠷ ᠬᠢ ᠲᠤᠷᠭᠠᠨ ᠭ᠍ᠱᠠᠨ
  • 《ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤ᠋ᠨ ᠦᠨᠳᠤᠰᠦᠳᠡᠨ ᠤ ᠤᠨᠴᠠᠯᠢᠭ
  • ᠠᠷᠪᠠᠨ ᠵᠢᠷᠭᠤᠳᠤᠭᠠᠷ ᠬᠤᠭᠤᠴᠠᠭᠠᠨ ᠤ ᠸᠸᠨ ᠬᠤᠸᠠ ᠱᠠᠩᠨᠠᠯ ᠤᠨ ᠡᠵᠡᠳ ᠲᠤᠳᠤᠷᠠᠯ᠎ᠠ
  • ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》
關閉
010070230030000000000000011120701125029199