蒙古文網站Logo
ᠰᠢᠨᠬᠤᠸᠠ ᠮᠤᠩᠭ᠋ᠤᠯ ᠨᠧᠲ

ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》

2019-05-05 11:08

    5 ᠰᠠᠷ᠎ᠠ ᠶᠢᠨ 1 ᠤ ᠤᠷᠤᠢ ᠳᠤᠮᠳᠠᠳᠤ ᠤᠯᠤᠰ ᠤᠨ ᠠᠩᠬᠠᠳᠠᠬᠴᠢ ᠪᠦᠲᠦᠨ ᠦᠵᠡᠭᠳᠡᠯᠳᠤ ᠲᠤᠮᠤ ᠤᠪᠤᠷ ᠤᠨ ᠠᠳᠤᠭᠤᠨ ᠤ ᠵᠦᠴᠦᠭᠡ ᠪᠤᠯᠬᠤ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》 ᠢ ᠦᠪᠦᠷ ᠮᠤᠩᠭᠤᠯ ᠤᠨ ᠴᠦᠭᠡᠨ ᠲᠤᠭᠠᠲᠤ ᠦᠨᠳᠦᠰᠦᠲᠡᠨ ᠤ ᠤᠯᠠᠨ ᠲᠦᠮᠡᠨ ᠤ ᠰᠤᠶᠤᠯ ᠪᠡᠶ᠎ᠠ ᠶᠢᠨ ᠲᠠᠮᠢᠷ ᠤᠨ ᠲᠦᠪ ᠲᠤ ᠲᠤᠬᠯᠠᠪᠠ᠃ 《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》 ᠨᠢ ᠦᠪᠦᠷ ᠮᠤᠩᠭᠤᠯ ᠤᠨ ᠦᠨᠳᠦᠰᠦᠲᠡᠨ ᠤ ᠤᠷᠠᠯᠢᠬ ᠤᠨ ᠬᠦᠷᠢᠶᠡᠯᠡᠩ ᠤᠨ ᠬᠢᠨ ᠤ ᠵᠤᠬᠢᠶᠠᠨ ᠪᠦᠲᠦᠭᠡᠭᠰᠡᠨ ᠮᠠᠨ ᠤ ᠤᠯᠤᠰ ᠤᠨ ᠠᠩᠬᠠᠳᠠᠬᠴᠢ ᠠᠳᠤᠭᠤᠨ ᠰᠤᠶᠤᠯ ᠤᠨ ᠪᠦᠲᠦᠨ ᠦᠵᠡᠭᠳᠡᠯᠳᠤ ᠲᠤᠬᠯᠠᠯᠲᠠ ᠪᠠᠶᠢᠭ᠎ᠠ᠃ ᠲᠤᠰ ᠵᠦᠴᠦᠭᠡ ᠲᠤ ᠮᠤᠩᠭᠤᠯᠴᠤᠳ ᠬᠢᠭᠡᠳ ᠮᠤᠷᠢᠨ ᠤ ᠤᠴᠠᠷᠠᠵᠤ ᠲᠠᠨᠢᠯᠴᠠᠬᠰᠠᠨ᠂ ᠦᠶᠡᠷᠬᠡᠵᠦ ᠳᠠᠰᠤᠯᠴᠠᠬᠰᠠᠨ᠂ ᠠᠮᠢ ᠨᠠᠰᠤ ᠪᠠᠨ ᠬᠤᠯᠪᠤᠬᠰᠠᠨ ᠦᠩᠭᠡᠷᠡᠯᠲᠡ ᠵᠢ ᠵᠢᠷᠤᠬᠯᠠᠵᠦ᠂ ᠮᠤᠷᠢᠲᠠᠨ ᠦᠨᠳᠦᠰᠦᠲᠡᠨ ᠤ ᠠᠭᠤᠳᠠᠮ ᠪᠠᠬᠲᠠᠭᠠᠮᠵᠢᠲᠠᠢ᠂ ᠰᠢᠨᠳᠠᠰᠤ ᠬᠠᠲᠠᠭᠤ ᠵᠤᠷᠢᠬ ᠰᠠᠨᠠᠭ᠎ᠠ ᠵᠢ ᠮᠠᠬᠲᠠᠵᠠᠢ᠃ (ᠭᠡᠷᠡᠯ ᠵᠢᠷᠤᠬ ᠢ ᠰᠢᠨᠬᠤᠸᠠ ᠨᠸᠲ ᠤᠨ ᠱᠢ ᠢ)

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ
ᠲᠦᠭᠡᠭᠡᠬᠦ :

ᠰᠣᠶᠤᠯ ᠤᠷᠠᠯᠢᠭ

  • ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》
  • ᠦᠪᠦᠷ ᠮᠤᠩᠭᠤᠯ ᠤᠨ ᠪᠠᠭᠠᠷᠢᠨ ᠪᠠᠷᠠᠭᠤᠨ ᠬᠤᠰᠢᠭᠤᠨ ‍ᠤ ᠴᠠᠭᠠᠨᠮᠦ᠋ᠷᠡᠨ ᠰᠤᠮᠤ ᠶᠢᠨ ᠲᠠᠪᠤᠨᠬᠤᠸᠠ ᠭᠠᠴᠠᠭ᠎ᠠ ᠮᠠᠯ ᠰᠢᠨᠡᠯᠡᠬᠡ ᠶ᠋ᠢᠨ ᠨᠠᠶᠢᠷ ᠬᠢᠪᠡ
  • ᠡᠷᠳᠡᠨᠢᠴᠢᠮᠡᠭ᠌᠄ ᠢᠰᠡᠬᠡᠢ ᠤᠷᠠᠯᠠᠯ ᠤᠨ ᠦᠪᠯᠡᠭᠴᠢ ᠪᠠ ᠰᠢᠨ᠎ᠡ ᠶᠢ ᠡᠬᠦᠳᠦᠭᠴᠢ
  • 《 ᠮᠤᠩᠭ᠋ᠤᠯ ᠲᠤᠯᠭᠤᠷ ᠪᠢᠴᠢᠭ᠌᠌ ᠤᠨ ᠤᠳᠤ ᠦᠶ᠎ᠡ ᠶᠢᠨ ᠰᠤᠩᠭ᠋ᠤᠳᠠᠭ ᠭᠠᠷ ᠪᠢᠴᠢᠮᠡᠯ》 ᠤᠨ ᠴᠤᠪᠤᠷᠠᠯ ᠨᠤᠮ ᠬᠡᠪᠯᠡᠭᠳᠡᠪᠡ
關閉
010070230030000000000000011120701124451248