蒙古文網站Logo
ᠰᠢᠨᠬᠤᠸᠠ ᠮᠤᠩᠭ᠋ᠤᠯ ᠨᠧᠲ

《ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤ᠋ᠨ ᠦᠨᠳᠤᠰᠦᠳᠡᠨ ᠤ ᠤᠨᠴᠠᠯᠢᠭ

2019-06-10 10:18

    ᠰᠢᠨᠬᠤᠸᠠ ᠮᠤᠩᠭ᠋ᠤᠯ ᠨᠧᠲ   ᠬᠦᠬᠡᠬᠤᠳᠠ ᠶᠢᠨ 6 ᠰᠠᠷ᠎ᠠ ᠶᠢᠨ 10 ᠤ ᠡᠳᠤᠷ ᠤᠨ ᠴᠠᠬᠢᠯᠭᠠᠨ ᠮᠡᠳᠡᠬᠡ ( ᠪᠠᠢ ᠯᠢᠩ ᠳ᠋ᠢ) 7 ᠤ ᠡᠳᠤᠷ ᠦᠪᠦᠷ ᠮᠤᠩᠭ᠋ᠤᠯ ᠤᠨ 2019 ᠤᠨ ᠤ 《 ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤᠨ ᠪᠡᠶᠡᠳᠤ ᠪᠤᠰᠤ ᠰᠤᠶᠤᠯ ᠤᠨ ᠦᠪ ᠢ ᠤᠬᠠᠭᠤᠯᠤᠨ ᠰᠤᠷᠳᠠᠯᠴᠢᠯᠠᠬᠤ ᠭᠤᠤᠯ ᠲᠠᠯᠠᠪᠤᠷ ᠠᠵᠢᠯᠯᠠᠭ᠎ᠠ  ᠦᠪᠦᠷ ᠮᠤᠩᠭ᠋ᠤᠯ ᠤᠨ ᠦᠵᠡᠰᠬᠦᠯᠡᠩ ᠤᠨ ᠤᠷᠳᠤᠨ ᠳᠤ ᠨᠡᠬᠡᠬᠡᠯᠳᠡ ᠪᠡᠨ ᠬᠢᠪᠡ᠃ ᠦᠪᠦᠷ ᠮᠤᠩᠭ᠋ᠤᠯ ᠤᠨ ᠭᠤᠤᠯ ᠲᠠᠯᠠᠪᠤᠷ ᠠᠵᠢᠯᠯᠠᠭ᠎ᠠ ᠨᠢ ᠪᠡᠶᠡᠳᠤ ᠪᠤᠰᠤ ᠰᠤᠶᠤᠯ ᠤᠨ ᠦᠪ ᠢ ᠤᠯᠠᠮᠵᠢᠯᠠᠬᠤ ᠪᠤᠯᠤᠨ ᠶᠠᠳᠠᠭᠤ ᠶᠢ ᠲᠡᠳᠬᠦᠵᠤ ᠴᠢᠨᠡᠭᠡᠯᠢᠭ᠍ᠵᠢᠬᠦ ᠦᠢᠯᠡᠳᠤᠯᠬᠡ ᠶᠢᠨ ᠲᠤᠮᠳᠠ ᠵᠢᠱᠢᠶᠡᠴᠢ ᠦᠢᠯᠡᠳᠤᠯ ᠦᠵᠡᠬᠦᠯᠵᠤ ᠪᠠᠶᠢᠬᠤ ᠶᠢ ᠭᠤᠤᠯᠳᠠᠯᠭ᠎ᠠ ᠲᠠᠢ ᠲᠠᠨᠢᠯᠴᠠᠭᠤᠯᠬᠤ ᠶᠢᠨ ᠬᠠᠮᠳᠤ ᠨᠡᠶᠢᠬᠡᠮ ᠨᠡᠶᠢᠳᠡ ᠶᠢᠨ ᠤᠷᠤᠯᠴᠠᠭ᠎ᠠ ᠲᠠᠢ ᠪᠡᠷ ᠪᠡᠶᠡᠳᠤ ᠪᠤᠰᠤ ᠰᠤᠶᠤᠯ ᠤᠨ ᠦᠪ ᠢ ᠤᠳᠤ ᠶᠢᠨ ᠠᠮᠢᠳᠤᠷᠠᠯ ᠳᠤ ᠠᠭᠤᠰᠤᠯᠴᠠᠭᠤᠯᠤᠨ ᠤᠷᠤᠭᠤᠯᠬᠤ ᠶᠢ ᠤᠳᠤᠷᠢᠳᠤᠨ ᠲᠠᠭᠠᠭᠤᠯᠬᠤ ᠶᠢ ᠵᠤᠷᠢᠭᠰᠠᠨ ᠪᠠᠶᠢᠨ᠎ᠠ᠃

    ᠭᠤᠷᠪᠠᠨ ᠡᠳᠤᠷ ᠤᠨ ᠬᠤᠭᠤᠴᠠᠭ᠎᠎ᠠ ᠲᠠᠢ ᠵᠤᠬᠢᠶᠠᠨ ᠪᠠᠶᠢᠭᠤᠯᠤᠭᠳᠠᠭᠰᠠᠨ ᠡᠨᠡ ᠬᠦ ᠠᠵᠢᠯᠯᠠᠭ᠎᠎ᠠ ᠳᠤ 《 ᠦᠪᠦᠷ ᠮᠤᠩᠭ᠋ᠤᠯ ᠤᠨ ᠬᠠᠮᠤᠭ ᠤᠨ ᠭᠤᠶᠤ ᠬᠠᠳᠭᠤᠮᠠᠯᠴᠢᠳ》 ᠤᠨ ᠬᠠᠳᠬᠤᠮᠠᠯ ᠤᠨ ᠪᠦᠲᠦᠬᠡᠯ ᠤᠨ ᠦᠵᠡᠬᠦᠯᠦᠯᠬᠡ᠂ 《 ᠮᠤᠩᠭ᠋ᠤᠯ》 ᠦᠨᠳᠤᠰᠦᠳᠡᠨ ᠤ ᠬᠤᠪᠴᠠᠰᠤ ᠵᠠᠰᠠᠯ ᠤᠨ ᠮᠤᠳ᠋ᠧᠯ ᠤᠨ ᠦᠵᠡᠬᠦᠯᠦᠯᠳᠡ᠂ ᠮᠤᠩᠭ᠋ᠤᠯ ᠦᠨᠳᠤᠰᠦᠳᠡᠨ ᠤ ᠬᠠᠭᠤᠴᠢᠨ ᠬᠡᠷᠡᠯ ᠵᠢᠷᠤᠭ ᠤᠨ ᠦᠵᠡᠰᠬᠦᠯᠡᠩ᠂ 《 ᠰᠠᠭᠤᠭᠳᠠᠯ ᠤᠨ ᠬᠤᠷᠴᠢᠨ》 ᠪᠡᠶᠡᠳᠤ ᠪᠤᠰᠤ ᠰᠤᠶᠤᠯ ᠤᠨ ᠦᠪ ᠤᠨ ᠲᠠᠭᠤᠤ ᠬᠦᠭ᠍ᠵᠢᠮ ᠤᠨ ᠲᠤᠭᠯᠠᠯᠳᠠ ᠵᠡᠷᠬᠡ ᠪᠠᠶᠠᠯᠢᠭ ᠠᠭᠤᠯᠭ᠎ᠠ ᠬᠠᠮᠤᠷᠤᠭᠳᠠᠵᠤ᠂ ᠢᠷᠭᠡᠳ ᠤᠨ ᠬᠠᠷᠠᠭ᠎ᠠ ᠶᠢ ᠪᠠᠶᠠᠰᠬᠠᠬᠰᠠᠨ ᠪᠠᠶᠢᠨ᠎ᠠ᠃

    ᠲᠤᠰ ᠤᠳᠠᠭᠠᠨ ᠤ ᠠᠵᠢᠯᠯᠠᠭ᠎ᠠ ᠶᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠤᠯᠤᠨ ᠠᠶᠠᠯᠠᠯ ᠵᠢᠭᠤᠯᠴᠢᠯᠠᠯ ᠤᠨ ᠲᠢᠩᠬᠢᠮ ᠡᠴᠡ ᠭᠤᠤᠯᠯᠠᠨ ᠡᠷᠬᠢᠯᠡᠵᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠦᠵᠡᠰᠬᠦᠯᠡᠩ ᠤᠨ ᠤᠷᠳᠤᠨ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠡᠶᠡᠳᠤ ᠪᠤᠰᠤ ᠰᠤᠶᠤᠯ ᠤᠨ ᠦᠪ ᠢ ᠬᠠᠮᠠᠭᠠᠯᠠᠬᠤ ᠲᠦᠪ ᠡᠴᠡ ᠲᠠᠭᠠᠭᠠᠴᠢᠯᠠᠨ ᠬᠦᠢᠴᠡᠳᠬᠡᠪᠡ᠃

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ
ᠲᠦᠭᠡᠭᠡᠬᠦ :

ᠰᠣᠶᠤᠯ ᠤᠷᠠᠯᠢᠭ

  • 《ᠰᠤᠶᠤᠯ ᠪᠤᠯᠤᠨ ᠪᠠᠶᠢᠭᠠᠯᠢ ᠶᠢᠨ ᠦᠪ ᠤᠨ ᠡᠳᠤᠷ》 ᠤ᠋ᠨ ᠦᠨᠳᠤᠰᠦᠳᠡᠨ ᠤ ᠤᠨᠴᠠᠯᠢᠭ
  • ᠠᠷᠪᠠᠨ ᠵᠢᠷᠭᠤᠳᠤᠭᠠᠷ ᠬᠤᠭᠤᠴᠠᠭᠠᠨ ᠤ ᠸᠸᠨ ᠬᠤᠸᠠ ᠱᠠᠩᠨᠠᠯ ᠤᠨ ᠡᠵᠡᠳ ᠲᠤᠳᠤᠷᠠᠯ᠎ᠠ
  • ᠮᠤᠩᠭᠤᠯᠴᠤᠳ ᠬᠢᠭᠡᠳ ᠮᠤᠷᠢ ᠵᠢ ᠠᠮᠢᠳᠤᠯᠢᠬ ᠬᠠᠷᠠᠭᠤᠯᠤᠬᠰᠠᠨ《ᠪᠤᠭᠤᠷᠤᠯ ᠲᠡᠦᠬᠡ ᠶᠢᠨ ᠬᠦᠯᠦᠭ ᠤᠨ ᠮᠠᠬᠲᠠᠭᠠᠯ》
  • ᠦᠪᠦᠷ ᠮᠤᠩᠭᠤᠯ ᠤᠨ ᠪᠠᠭᠠᠷᠢᠨ ᠪᠠᠷᠠᠭᠤᠨ ᠬᠤᠰᠢᠭᠤᠨ ‍ᠤ ᠴᠠᠭᠠᠨᠮᠦ᠋ᠷᠡᠨ ᠰᠤᠮᠤ ᠶᠢᠨ ᠲᠠᠪᠤᠨᠬᠤᠸᠠ ᠭᠠᠴᠠᠭ᠎ᠠ ᠮᠠᠯ ᠰᠢᠨᠡᠯᠡᠬᠡ ᠶ᠋ᠢᠨ ᠨᠠᠶᠢᠷ ᠬᠢᠪᠡ
關閉
010070230030000000000000011120701124601789